ᠵᠤᠬᠢᠶᠠᠭᠴᠢ:
ᠴᠠᠭ:2025-08-11
ᠥᠵᠡᠭᠰᠡᠨ : ℃
ᠢᠷᠡᠯᠲᠡ:
3 ᠰᠠᠯᠠᠭ᠎ᠠ ᠮᠥᠴᠢᠷ ᠲᠥᠪ ᠦᠨ ᠭᠠᠮᠰᠢᠭ ᠡᠴᠡ ᠠᠪᠤᠷᠠᠬᠤ ᠪᠠᠷ ᠪᠠᠭᠣᠯᠭᠠᠭᠰᠠᠨ 4.74 ᠲᠦᠮᠡᠨ ᠢᠵᠢ ᠡᠳ᠋ ᠪᠣᠳᠠᠰ ᠢ ᠰᠢᠯᠵᠢᠭᠦᠯᠦᠨ ᠦᠭ᠍ᠴᠦ ᠥᠪᠥᠷ ᠮᠣᠩᠭᠣᠯ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢᠶᠠᠨ ᠰᠠᠶᠢᠲᠤᠷ ᠬᠢᠬᠦ ᠢᠢ ᠨᠢ ᠳᠡᠮᠵᠢᠪᠡ
2025 8 ᠳ᠋ᠤᠭᠠᠷ ᠰᠠᠷ᠎ᠠ ᠶ᠋ᠢᠨ 7 ᠤ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠣᠲᠠ ᠵᠡᠷᠭᠡ ᠭᠠᠵᠠᠷ ᠤᠨ ᠦᠶᠡᠷ ᠤᠰᠤᠲᠤᠯ ᠤᠨ ᠭᠠᠮᠰᠢᠭ ᠲᠤ ᠴᠢᠭᠯᠡᠭᠦᠯᠦᠨ᠂ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠤᠨ ᠬᠣᠬᠢᠷᠠᠯ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠦᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠣ ᠬᠠᠮᠢᠶᠠᠷᠤᠯᠲᠠ ᠶ᠋ᠢᠨ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠯᠣᠭ᠎ᠠ ᠬᠠᠮᠲᠤᠷᠠᠨ ᠭᠠᠮᠰᠢᠭ ᠠᠴᠠ ᠠᠪᠤᠷᠠᠬᠤ ᠪᠠᠷ ᠮᠠᠶᠢᠬᠠᠨ᠂ ᠡᠪᠬᠡᠮᠡᠯ ᠣᠷᠣ᠂ ᠨᠣᠣᠰᠣᠨ ᠲᠠᠩᠰᠠ᠂ ᠬᠥᠪᠥᠩ ᠬᠤᠪᠴᠠᠰᠤ ᠬᠥᠨᠵᠢᠯᠡ ᠵᠡᠷᠭᠡ ᠲᠥᠪ ᠦᠨ ᠭᠠᠮᠰᠢᠭ ᠠᠴᠠ ᠠᠪᠤᠷᠠᠬᠤ ᠪᠡᠷ ᠪᠠᠭᠣᠯᠭᠠᠭᠰᠠᠨ 4.74 ᠲᠦᠮᠡᠨ ᠢᠵᠢ ᠡᠳ᠋ ᠪᠣᠳᠠᠰ ᠢ ᠰᠢᠯᠵᠢᠭᠦᠯᠦᠨ ᠦᠭ᠍ᠴᠦ᠂ ᠲᠤᠬᠠᠢ ᠶ᠋ᠢᠨ ᠭᠠᠵᠠᠷ ᠤᠨ ᠭᠠᠮᠰᠢᠭᠳᠠᠭᠰᠠᠨ ᠤᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢᠶᠠᠨ ᠤᠯᠠᠮ ᠨᠢᠭᠡ ᠠᠯᠬᠤᠮ ᠰᠠᠶᠢᠲᠤᠷ ᠬᠢᠬᠦ ᠶ᠋ᠢ ᠨᠢ ᠳᠡᠮᠵᠢᠪᠡ᠃