ᠵᠤᠬᠢᠶᠠᠭᠴᠢ:
ᠴᠠᠭ:2025-08-11
ᠥᠵᠡᠭᠰᠡᠨ : ℃
ᠢᠷᠡᠯᠲᠡ:
ᠲᠦᠷᠦᠭᠦᠦ ᠬᠠᠭᠠᠰ ᠵᠢᠯ ᠳᠦ ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠡᠴᠡ 25.1 ᠳ᠋ᠦᠩᠰᠢᠭᠤᠷ ᠲᠥᠭᠥᠷᠢᠭ ᠭᠠᠷᠭᠠᠵᠤ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠶ᠋ᠢ ᠳᠡᠮᠵᠢᠪᠡ
ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠤᠨ ᠲᠢᠩᠬᠢᠮ ᠡᠴᠡ ᠣᠶᠢᠯᠠᠭᠠᠭᠰᠠᠨ ᠢᠶᠠᠷ᠄ 2025 ᠲᠦᠷᠦᠭᠦᠸ ᠬᠠᠭᠠᠰ ᠵᠢᠯ ᠳᠦ᠂ ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠠ᠋ᠴᠠ 25.1 ᠳ᠋ᠦᠩᠰᠢᠭᠤᠷ ᠲᠥᠭᠥᠷᠢᠭ ᠦᠨ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠲᠤᠰᠬᠠᠢ ᠪᠡᠯᠡ ᠮᠥᠩᠭᠥ ᠪᠠᠭᠤᠯᠭᠠᠵᠤ᠂ ᠡᠯ᠎ᠡ ᠲᠥᠷᠥᠯ ᠦᠨ ᠰᠢᠨ᠎ᠡ ᠶ᠋ᠢ ᠡᠭᠦᠳᠬᠦ ᠪᠡᠶᠡᠴᠢ ᠴᠣᠭᠴᠠ ᠶ᠋ᠢᠨ ᠰᠢᠨᠵᠢᠯᠡᠬᠦ ᠤᠬᠠᠭᠠᠨ ᠮᠡᠷᠭᠡᠵᠢᠯ ᠦᠨ《ᠰᠢᠪᠲᠤᠯᠤᠯᠲᠠ ᠭᠠᠷᠭᠠᠬᠤ》ᠢᠨᠵᠧᠨᠧᠷᠢᠩ ᠢ ᠬᠡᠷᠡᠭᠵᠢᠭᠦᠯᠬᠦ ᠪᠠ ᠰᠠᠭᠤᠷᠢ ᠰᠤᠳᠤᠯᠭᠠᠨ᠂ ᠵᠠᠩᠭᠢᠯᠠᠭ᠎ᠠ ᠶ᠋ᠢᠨ ᠭᠣᠣᠯᠯᠠᠬᠤ ᠮᠡᠷᠭᠡᠵᠢᠯ ᠦᠨ ᠪᠡᠷᠬᠡ ᠰᠡᠳᠦᠪ ᠢ ᠰᠶᠢᠳᠪᠦᠷᠢᠯᠡᠬᠦ ᠵᠢᠴᠢ ᠰᠢᠨᠵᠢᠯᠡᠬᠦ ᠤᠬᠠᠭᠠᠨ ᠮᠡᠷᠭᠡᠵᠢᠯ ᠦᠨ ᠦᠷ᠎ᠡ ᠪᠦᠲᠦᠭᠡᠯ ᠦᠨ ᠤᠯᠠᠷᠢᠭᠤᠯᠤᠯᠲᠠ᠂ ᠰᠢᠨ᠎ᠡ ᠶ᠋ᠢ ᠡᠭᠦᠳᠬᠦ ᠲᠠᠪᠴᠠᠩ ᠤᠨ ᠪᠠᠶᠢᠭᠤᠯᠤᠯᠲᠠ ᠵᠡᠷᠭᠡ ᠶ᠋ᠢ ᠥᠷᠨᠢᠭᠦᠯᠬᠦ ᠶ᠋ᠢ ᠳᠡᠮᠵᠢᠵᠦ᠂ ᠰᠢᠨ᠎ᠡ ᠶ᠋ᠢ ᠡᠭᠦᠳᠬᠦ ᠪᠡᠶᠡᠴᠢ ᠴᠣᠭᠴᠠ ᠶ᠋ᠢᠨ ᠴᠢᠳᠠᠪᠤᠷᠢ ᠶ᠋ᠢ ᠦᠷᠭᠦᠯᠵᠢᠯᠡᠨ ᠳᠡᠭᠡᠭᠰᠢᠯᠡᠭᠦᠯᠪᠡ᠃ ᠣᠶᠢᠯᠠᠭᠠᠭᠰᠠᠨ ᠢᠶᠠᠷ᠂ 2025 ᠣᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠲᠤᠰᠬᠠᠢ ᠪᠡᠯᠡ ᠮᠥᠩᠭᠥ ᠶ᠋ᠢ ᠪᠦᠯᠦᠭ ᠬᠤᠪᠢᠶᠠᠨ ᠪᠠᠭᠤᠯᠭᠠᠪᠠ᠃《ᠡᠳ᠋ ᠦᠨ ᠬᠦᠴᠦᠨ ᠢ ᠲᠥᠪᠯᠡᠷᠡᠭᠦᠯᠬᠦ᠂ ᠭᠣᠣᠯᠳᠠᠯᠭ᠎ᠠ ᠶ᠋ᠢ ᠳᠣᠪᠣᠢᠢᠯᠭᠠᠬᠤ᠂ ᠲᠥᠷᠥᠯ ᠬᠤᠪᠢᠶᠠᠨ ᠳᠡᠮᠵᠢᠬᠦ᠂ ᠠᠵᠢᠯ ᠤᠨ ᠦᠷ᠎ᠡ ᠪᠦᠲᠦᠮᠵᠢ ᠶ᠋ᠢ ᠴᠢᠬᠤᠯᠠᠴᠢᠯᠠᠬᠤ》ᠵᠠᠷᠴᠢᠮ ᠢ ᠵᠢᠷᠤᠮᠯᠠᠨ᠂ ᠲᠤᠰᠬᠠᠢ ᠵᠦᠢᠯ ᠦᠨ ᠪᠡᠯᠡ ᠮᠥᠩᠭᠥ ᠶ᠋ᠢ ᠪᠠᠭᠤᠯᠭᠠᠭᠰᠠᠨ ᠨᠢ ᠥᠪᠥᠷ ᠮᠣᠩᠭᠣᠯ ᠤᠨ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠴᠢᠳᠠᠪᠤᠷᠢ ᠶ᠋ᠢ ᠪᠥᠬᠥ ᠲᠠᠯ᠎ᠠ ᠪᠠᠷ ᠳᠡᠭᠡᠭᠰᠢᠯᠡᠭᠦᠯᠬᠦ ᠶ᠋ᠢᠨ ᠲᠥᠯᠥᠭᠡ ᠶᠤᠮ᠃ ᠳᠤᠷᠠᠳᠤᠭᠤᠰᠢᠲᠠᠢ ᠨᠢᠭᠡ ᠵᠦᠢᠯ ᠭᠡᠪᠡᠯ᠂ ᠳᠣᠯᠣᠳᠤᠭᠠᠷ ᠪᠦᠯᠦᠭ ᠦᠨ ᠲᠣᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠲᠤᠰᠬᠠᠢ ᠵᠦᠢᠯ ᠦᠨ ᠪᠡᠯᠡ ᠮᠥᠩᠭᠥ ᠨᠢ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠴᠢᠬᠤᠯᠠ ᠶᠡᠬᠡ ᠡᠭᠦᠷᠭᠡ ᠶ᠋ᠢᠨ ᠲᠣᠭᠣᠷᠢᠨ ᠳᠤ᠂ 2025 ᠣᠨ ᠤ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠦᠨ ᠠᠵᠤ ᠦᠢᠯᠡᠰ ᠦᠨ ᠵᠢᠱᠢᠶ᠎ᠡ ᠦᠵᠡᠭᠦᠯᠬᠦ ᠲᠣᠭᠣᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠦᠨ ᠲᠤᠯᠭᠠᠭᠤᠷᠢᠯᠠᠬᠤ ᠲᠥᠷᠥᠯ ᠵᠦᠢᠯ ᠢ ᠪᠦᠲᠦᠭᠡᠨ ᠶ᠋ᠢ ᠭᠣᠣᠯᠳᠠᠯᠭ᠎ᠠ ᠲᠠᠢ ᠳᠡᠮᠵᠢᠵᠦ᠂ ᠲᠣᠰ ᠲᠣᠭᠣᠷᠢᠭ ᠤᠨ ᠰᠢᠨ᠎ᠡ ᠶ᠋ᠢ ᠡᠭᠦᠳᠬᠦ ᠴᠢᠳᠠᠪᠤᠷᠢ ᠶ᠋ᠢᠨ ᠳᠡᠭᠡᠭᠰᠢᠯᠡᠯᠲᠡ ᠶ᠋ᠢ ᠠᠬᠢᠭᠤᠯᠤᠨ᠂ ᠪᠣᠷᠣᠳᠣᠬᠣᠢ ᠶ᠋ᠢᠨ ᠤᠰᠤᠯᠠᠯᠲᠠ ᠶ᠋ᠢᠨ ᠣᠷᠣᠨ ᠤ ᠠᠮᠢ ᠠᠬᠤᠢ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠴᠢᠨᠠᠷ ᠰᠠᠶᠢᠲᠠᠢ ᠬᠥᠭᠵᠢᠯᠲᠡ ᠶ᠋ᠢ ᠠᠬᠢᠭᠤᠯᠤᠨ᠎ᠠ︔ ᠪᠦᠯᠦᠭ ᠦᠨ ᠲᠣᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠲᠤᠰᠬᠠᠢ ᠵᠦᠢᠯ ᠦᠨ ᠪᠡᠯᠡ ᠮᠥᠩᠭᠥ ᠪᠡᠷ ᠤᠯᠤᠰ ᠤᠨ ᠳᠣᠲᠣᠭᠠᠳᠤ ᠭᠠᠳᠠᠭᠠᠳᠤ ᠶ᠋ᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠦᠨ ᠬᠠᠮᠲᠤᠷᠠᠯᠴᠠᠭ᠎ᠠ ᠥᠷᠨᠢᠭᠦᠯᠬᠦ 66 ᠲᠥᠷᠥᠯ ᠵᠦᠢᠯ ᠢ ᠭᠣᠣᠯᠳᠠᠯᠭ᠎ᠠ ᠲᠠᠢ ᠳᠡᠮᠵᠢᠵᠦ᠂ ᠵᠠᠩᠭᠢᠯᠠᠭ᠎ᠠ ᠶ᠋ᠢᠨ ᠮᠡᠷᠭᠡᠵᠢᠯ ᠦᠨ ᠪᠡᠷᠬᠡ ᠰᠡᠳᠦᠪ ᠢ ᠰᠶᠢᠳᠪᠦᠷᠢᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠦᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠭᠣᠣᠯ ᠴᠣᠭᠴᠠ ᠶ᠋ᠢ ᠳᠠᠢᠴᠢᠯᠠᠨ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢ᠂ ᠰᠢᠨ᠎ᠡ ᠶ᠋ᠢ ᠡᠭᠦᠳᠬᠦ ᠴᠢᠳᠠᠪᠤᠷᠢ ᠶ᠋ᠢ ᠨᠢ ᠳᠡᠭᠡᠭᠰᠢᠯᠡᠭᠦᠯᠦᠨ᠎ᠡ᠃ ᠲᠠᠷᠠᠭᠠᠴᠢ ᠶ᠋ᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠤᠨ ᠲᠢᠩᠬᠢᠮ ᠡᠴᠡ ᠡᠳ᠋ ᠦᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠣᠭᠤᠯᠤᠯᠲᠠ ᠶ᠋ᠢᠨ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠵᠤ᠂ ᠡᠳ᠋ ᠦᠨ ᠬᠦᠴᠦᠨ ᠢᠶᠡᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠦᠨ 《ᠰᠢᠪᠲᠤᠯᠤᠯᠲᠠ ᠭᠠᠷᠭᠠᠬᠤ》ᠢᠨᠵᠧᠨᠧᠷᠢᠩ ᠦᠨ ᠲᠥᠷᠥᠯ ᠵᠦᠢᠯ ᠢ ᠬᠡᠷᠡᠭᠵᠢᠭᠦᠯᠬᠦ ᠶ᠋ᠢ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶ᠋ᠢ ᠡᠭᠦᠳᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠠ ᠰᠢᠨ᠎ᠡ ᠶ᠋ᠢ ᠡᠭᠦᠳᠬᠦ ᠬᠡᠯᠪᠡᠷᠢ ᠶ᠋ᠢᠨ ᠥᠪᠥᠷ ᠮᠣᠩᠭᠣᠯ ᠢ ᠪᠦᠲᠦᠭᠡᠨ ᠪᠠᠶᠢᠭᠤᠯᠬᠤ ᠳᠤ ᠡᠳ᠋ ᠦᠨ ᠵᠠᠰᠠᠭ ᠤᠨ ᠪᠠᠲᠤᠯᠠᠭ᠎ᠠ ᠬᠠᠩᠭᠠᠨ᠎ᠠ᠃