ᠵᠤᠬᠢᠶᠠᠭᠴᠢ:
ᠴᠠᠭ:2025-07-30
ᠥᠵᠡᠭᠰᠡᠨ : ℃
ᠢᠷᠡᠯᠲᠡ:
ᠥᠪᠥᠷ ᠮᠣᠩᠭᠣᠯ 277 ᠡᠪᠡᠰᠦᠨ ᠦᠷ᠎ᠡ ᠡᠭᠦᠯᠳᠡᠷ ᠬᠢᠨᠠᠨ ᠲᠣᠳᠣᠯᠠᠵᠤ ᠮᠠᠭᠠᠳᠯᠠᠨ ᠲᠣᠭᠲᠠᠭᠠᠪᠠ
ᠥᠪᠥᠷ ᠥᠪᠡᠷᠲᠡᠭᠡᠨ ᠵᠠᠰᠠᠬᠤ ᠣᠶ ᠰᠢᠭᠤᠢ ᠪᠠ ᠨᠤᠲᠤᠭ ᠪᠡᠯᠴᠢᠭᠡᠷ ᠲᠣᠪᠴᠢᠶ᠎ᠠ ᠣᠶᠢᠯᠭᠠᠭᠰᠠᠨ᠂ ᠪᠥᠬᠥ ᠮᠤᠵᠢ ᠳᠡᠰ ᠦᠷ᠎ᠡ ᠡᠭᠦᠯᠳᠡᠷ ᠬᠢᠨᠠᠨ ᠲᠣᠭᠲᠠᠭᠠᠬᠤ ᠺᠣᠮᠢᠰ ᠪᠠᠶᠢᠭᠤᠯᠤᠭᠰᠠᠨ ᠮᠤᠵᠢ ᠣᠷᠣᠨ ᠂ ᠥᠪᠥᠷ ᠮᠣᠩᠭᠣᠯ ᠨᠢᠭᠡᠨᠲᠡ 277 ᠡᠪᠡᠰᠦᠨ ᠦᠷ᠎ᠡ ᠡᠭᠦᠯᠳᠡᠷ ᠬᠢᠨᠠᠨ ᠲᠣᠭᠲᠠᠭᠠᠵᠤ᠂ ᠲᠣᠭ᠎ᠠ ᠬᠡᠮᠵᠢᠶ᠎ᠡ ᠨᠢ ᠪᠥᠬᠥ ᠲᠡᠷᠢᠭᠦᠨ ᠣᠷᠣᠪᠠ᠃
ᠣᠶᠢᠯᠠᠭᠠᠭᠰᠠᠨ᠂ ᠣᠲᠣ ᠪᠣᠯᠲᠠᠯ᠎ᠠ᠂ ᠬᠢᠩᠭᠠᠨ ᠠᠶᠢᠮᠠᠭ᠂ ᠤᠯᠠᠭᠠᠨᠴᠠᠪ ᠬᠣᠲᠠ᠂ ᠪᠠᠶᠠᠨᠨᠠᠭᠤᠷ ᠬᠣᠲᠠ ᠡᠪᠡᠰᠦᠨ ᠦᠷ᠎ᠡ ᠡᠭᠦᠯᠳᠡᠷ ᠣᠷᠣᠨ ᠪᠦᠰᠡ 3 ᠲᠤᠷᠰᠢᠯᠲᠠ ᠥᠷᠲᠡᠭᠡ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ ᠲᠤᠷᠰᠢᠯᠲᠠ ᠡᠭᠦᠷᠭᠡᠡᠭᠦᠷᠭᠡᠯᠡᠭᠦᠯᠦᠭᠰᠡᠨ ᠪᠠᠶᠢᠨ᠎ᠠ᠃ ᠤᠯᠠᠭᠠᠨᠬᠠᠳᠠ ᠬᠤᠳᠠ᠂ ᠠᠯᠠᠱᠠ ᠠᠶᠢᠮᠠᠭ ᠣᠷᠣᠨ ᠪᠦᠰᠡ 2 ᠲᠤᠷᠰᠢᠯᠲᠠ ᠦᠷᠳᠡᠭᠡ ᠶᠠᠭ ᠱᠠᠯᠠᠪᠳᠠᠨ ᠪᠠᠶᠢᠭᠤᠯᠵᠤ᠂ ᠵᠢᠱᠢᠯᠲᠡ ᠪᠡᠷ 2026 ᠣᠨ ᠡᠬᠢᠯᠡᠨ ᠲᠤᠷᠰᠢᠯᠲᠠ ᠬᠢᠯᠭᠡᠬᠦ ᠡᠭᠦᠷᠭᠡ ᠡᠭᠦᠷᠭᠡᠯᠡᠭᠦᠯᠦᠨ᠎ᠡ᠃ ᠣᠨ ᠠᠵᠢᠯ ᠬᠤᠪᠢᠶᠠᠷᠢᠯᠠᠯ ᠶᠣᠰᠣᠭᠠᠷ᠂ ᠬᠢᠩᠭᠠᠨ ᠠᠶᠢᠮᠠᠭ ᠦᠶᠡᠲᠦ ᠤᠷᠭᠤᠮᠠᠯ ᠢᠵᠠᠭᠤᠷ᠂ ᠪᠤᠷᠴᠠᠭ ᠢᠵᠠᠭᠤᠷ᠂ ᠤᠳᠪᠠᠯᠠ ᠢᠵᠠᠭᠤᠷ ᠵᠡᠷᠭᠡ 21 ᠵᠤᠶᠢᠯ ᠡᠪᠡᠰᠦᠨ ᠦᠷ᠎ᠡ ᠡᠭᠦᠯᠳᠡᠷ ᠲᠤᠷᠰᠢᠯᠲᠠ ᠬᠢᠯᠭᠡᠬᠦ ᠡᠭᠦᠷᠭᠡ ᠡᠭᠦᠷᠭᠡᠯᠡᠭᠦᠯᠵᠦ᠂ ᠤᠯᠠᠭᠠᠨᠴᠠᠪ ᠬᠣᠲᠠ ᠦᠶᠡᠲᠦ ᠤᠷᠭᠤᠮᠠᠯ ᠢᠵᠠᠭᠤᠷ᠂ ᠪᠤᠷᠴᠠᠭ ᠢᠵᠠᠭᠤᠷ ᠵᠡᠷᠭᠡ 38 ᠵᠤᠶᠢᠯ ᠡᠪᠡᠰᠦᠨ ᠦᠷ᠎ᠡ ᠡᠭᠦᠯᠳᠡᠷ ᠲᠤᠷᠰᠢᠯᠲᠠ ᠬᠢᠯᠭᠡᠬᠦ ᠡᠭᠦᠷᠭᠡ ᠡᠭᠦᠷᠭᠡᠯᠡᠭᠦᠯᠵᠦ᠂ ᠪᠠᠶᠠᠨᠨᠠᠭᠤᠷ ᠬᠣᠲᠠ ᠦᠶᠡᠲᠦ ᠤᠷᠭᠤᠮᠠᠯ ᠢᠵᠠᠭᠤᠷ᠂ ᠪᠤᠷᠴᠠᠭ ᠢᠵᠠᠭᠤᠷ ᠵᠡᠷᠭᠡ 19 ᠦᠷ᠎ᠡ ᠲᠤᠷᠰᠢᠯᠲᠠ ᠬᠢᠯᠭᠡᠭᠦ ᠡᠭᠦᠷᠭᠡ ᠡᠭᠦᠷᠭᠡᠯᠡᠭᠦᠯᠦᠨ᠎ᠡ᠃ ᠳᠠᠷᠠᠭᠠᠴᠢ ᠠᠯᠬᠤᠮ ᠂ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠬᠢᠨᠠᠨ ᠲᠣᠭᠲᠠᠭᠠᠬᠤ ᠲᠡᠰ ᠳᠠᠷᠠᠭᠠᠯᠠᠯ ᠪᠣᠯᠣᠨ ᠠᠵᠢᠯᠯᠠᠬᠤ ᠴᠤᠪᠤᠷᠠᠯ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠠᠯ᠎ᠠ ᠦᠷᠭᠦᠯᠵᠢᠯᠡᠨ ᠬᠦᠴᠦᠯᠡᠵᠦ᠂ ᠦᠷ᠎ᠡ ᠡᠭᠦᠯᠳᠡᠷ ᠰᠣᠩᠭᠣᠨ ᠪᠣᠶᠢᠵᠢᠭᠤᠯᠬᠤ ᠰᠢᠨᠵᠢᠯᠡᠬᠦ ᠤᠬᠠᠭᠠᠨᠴᠢ ᠵᠢᠷᠤᠮᠵᠢᠭᠤᠯᠬᠤ᠂ ᠦᠷ᠎ᠡ ᠡᠭᠦᠯᠳᠡᠷ ᠬᠢᠨᠠᠨ ᠲᠣᠭᠲᠠᠭᠠᠬᠤ ᠡᠷᠬᠡ ᠲᠡᠭᠰᠢ ᠲᠥᠪ ᠭᠣᠣᠯᠴᠢ ᠪᠠᠶᠢᠯᠭᠠᠬᠤ ᠪᠡᠶᠡᠯᠡᠭᠦᠯᠵᠦ᠂ ᠲᠦᠷᠦᠯ ᠵᠦᠢᠯ ᠲᠣᠭ᠎ᠠ ᠬᠡᠮᠵᠢᠶ᠎ᠡ ᠨᠡᠮᠡᠭᠳᠡᠯ ᠶᠠᠰᠤ ᠴᠢᠨᠠᠷ ᠨᠡᠮᠡᠭᠳᠡᠯ ᠲᠡᠶᠢᠰᠢ ᠬᠤᠪᠢᠷᠠᠭᠤᠯᠬᠤ ᠪᠡᠶᠡᠯᠡᠭᠦᠯᠵᠦ᠂ ᠦᠷ᠎ᠡ ᠦᠢᠯᠡᠰ ᠬᠥᠭᠵᠢᠭᠦᠯᠦᠨ ᠮᠠᠨᠳᠤᠭᠤᠯᠬᠤ ᠪᠠ ᠰᠦ ᠰᠠᠭᠠᠯᠢ ᠦᠢᠯᠡᠰ ᠬᠥᠭᠵᠢᠭᠦᠯᠦᠨ ᠮᠠᠨᠳᠤᠭᠤᠯᠬᠤ ᠲᠦᠷᠭᠡᠳᠬᠡᠨ ᠠᠬᠢᠭᠤᠯᠬᠤ ᠪᠠᠲᠤ ᠪᠡᠬᠢ ᠰᠠᠭᠤᠷᠢ ᠲᠠᠯᠪᠢᠨ᠎ᠠ᠃
ᠢᠷᠡᠯᠲᠡ᠄ ᠥᠪᠥᠷ ᠮᠣᠩᠭᠣᠯ