ᠵᠤᠬᠢᠶᠠᠭᠴᠢ: ᠴᠠᠭ:2026-01-22 ᠥᠵᠡᠭᠰᠡᠨ : ᠢᠷᠡᠯᠲᠡ:       
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠢᠢᠨ ᠪᠠᠶᠢᠩᠭᠤ ᠢᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠦᠨ ᠲᠥᠪ  ᠤᠨ ᠤᠯᠤᠰ ᠲᠦᠷᠦ ᠢᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶ᠋ᠢ ᠰᠤᠷᠤᠯᠴᠠᠨ    ᠸᠠᠩ ᠸᠧᠶ ᠵᠥᠩ ᠬᠤᠷᠠᠯ  ᠢ ᠡᠷᠭᠢᠯᠡᠵᠠᠢ

 

2026  1  ᠰᠠᠷ᠎ᠠ ᠢᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠪᠠᠶᠢᠩᠭᠤ ᠢᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ ᠦᠨ ᠲᠥᠪ ᠦᠨ ᠤᠯᠤᠰ ᠲᠥᠷᠥ ᠢᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠢᠢ ᠤᠯᠠᠮᠵᠢᠯᠠᠨ ᠰᠤᠷᠤᠯᠴᠠᠵᠤ᠂  ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠢᠢᠨ ᠱᠦᠵᠢ ᠸᠠᠩ ᠸᠧᠶ ᠵᠥᠩ ᠬᠤᠷᠠᠯ ᠢ ᠡᠷᠭᠢᠯᠡᠪᠡ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶ᠎ᠠ ᠨᠢ ᠲᠥᠪ ᠦᠨ   ᠲᠣᠭᠲᠠᠭᠠᠯ ᠤᠨ ᠵᠣᠷᠢᠭ ᠰᠠᠨᠠᠭ᠎ᠠ ᠢᠢ ᠴᠥᠬᠥᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠢᠢ ᠪᠠᠶᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶ᠋ᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠪᠥᠬᠥ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷ ᠢᠯᠠᠩᠭᠤᠶ᠎ᠠ ᠮᠤᠵᠢ ᠢᠢᠨ ᠲᠠᠰ ᠤᠨ ᠤᠳᠤᠷᠢᠳᠬᠤ ᠨᠥᠬᠥᠳ ᠶᠡᠷᠦᠩᠬᠡᠶ ᠱᠦᠵᠢ ᠰᠢ ᠵᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠢᠢ ᠨᠠᠷᠢᠨ ᠬᠢᠨᠠᠮᠠᠭᠠᠶ ᠰᠤᠷᠤᠯᠴᠠᠨ ᠂ ᠪᠠᠲᠤ ᠢᠲᠡᠭᠡᠬᠦ᠂ ᠪᠣᠳᠠᠲᠠᠶ ᠢᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ᠂ ᠥᠪᠡᠷ ᠢ ᠪᠡᠨ ᠱᠠᠭᠠᠷᠳᠠᠬᠤ ᠲᠤᠬᠠᠢ ᠴᠢᠬᠤᠯᠠ ᠱᠠᠭᠠᠷᠳᠠᠯᠭ᠎ᠠ ᠢᠢ ᠭᠦᠨᠵᠡᠭᠡᠶ ᠣᠶᠢᠯᠠᠭᠠᠵᠤ᠂ ᠤᠬᠠᠮᠰᠠᠷ ᠡᠴᠡ ᠪᠠᠨ ᠦᠢᠯᠡᠳᠦᠯᠭᠡᠵᠢᠭᠦᠯᠵᠦ᠂ ᠣᠷᠣᠨ ᠳᠠᠶᠠᠭᠠᠷ ᠲᠤ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠢᠢ ᠰᠠᠬᠢᠬᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠬᠦ ᠶ᠋ᠢ ᠬᠥᠲᠥᠯᠥᠨ ᠳᠠᠭᠠᠭᠤᠯᠬᠤ ᠬᠡᠷᠡᠭ᠍ᠲᠡᠶ᠃ ᠰᠤᠷᠤᠯᠴᠠᠯᠭ᠎ᠠ ᠶ᠋ᠢ ᠶᠡᠬᠡ ᠪᠡᠷ ᠡᠷᠬᠢᠮᠯᠡᠵᠤ᠂ ᠰᠢ ᠵᠢᠨ ᠫᠢᠩ ᠦᠨ ᠰᠢᠨ᠎ᠡ ᠴᠠᠭ ᠦᠶ᠎ᠡ ᠢᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠢᠢᠨ ᠵᠣᠷᠢᠭ ᠰᠠᠨᠠᠭ᠎ᠠ ᠢᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠤᠯᠤᠰ ᠳᠦᠷᠦ ᠢᠢᠨ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭ᠍ᠰᠢᠯᠡᠭᠦᠯᠵᠦ᠂ ᠢᠲᠡᠭᠡᠯ ᠪᠢᠰᠢᠷᠡᠯ ᠢᠳᠡᠭᠡᠯ ᠵᠤᠷᠢᠭ ᠢᠶᠡᠨ ᠪᠠᠲᠤᠳᠬᠠᠬᠤ ᠲᠠᠯ᠎ᠠ ᠪᠠᠷ ᠳᠠᠭᠤᠷᠢᠶᠠᠯ ᠪᠣᠯᠬᠤ ᠬᠡᠷᠡᠭ᠍ᠲᠡᠢ᠃ ᠭᠦᠨᠵᠡᠭᠡᠢ ᠪᠠᠶᠢᠴᠠᠭᠠᠨ ᠰᠤᠳᠤᠯᠵᠤ᠂ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠶᠠᠪᠤᠳᠠᠯ ᠬᠢᠵᠦ᠂ ᠪᠣᠳᠠᠲᠤ ᠦᠷ᠎ᠡ ᠪᠦᠲᠦᠮᠵᠢ ᠢᠢ ᠡᠷᠬᠢᠮᠯᠡᠨ᠂ ᠵᠠᠰᠠᠭ ᠤᠨ ᠠᠵᠢᠯ ᠤᠨ ᠪᠦᠲᠦᠮᠵᠢ ᠢᠢᠨ ᠲᠤᠬᠠᠢ ᠵᠥᠪ ᠦᠵᠡᠯᠲᠡ ᠢᠢ ᠪᠤᠢ ᠪᠣᠯᠭᠠᠨ ᠦᠢᠯᠡᠳᠦᠯᠭᠡᠵᠢᠭᠦᠯᠵᠦ᠂ ᠦᠨᠡᠨ ᠢ ᠪᠠᠷᠢᠮᠲᠠᠯᠠᠨ ᠪᠣᠳᠠᠳᠠᠢ ᠢᠢ ᠡᠷᠬᠢᠮᠯᠡᠬᠦ ᠵᠢ ᠠᠵᠢᠯᠯᠠᠭ᠎ᠠ ᠲᠡᠬᠡᠷ᠎ᠡ ᠪᠠᠨ ᠢᠯᠡᠷᠡᠬᠦᠯᠬᠦ ᠬᠡᠷᠡᠭ᠍ᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ《1571》 ᠠᠵᠢᠯ ᠤᠨ ᠪᠠᠶᠢᠷᠢᠯᠠᠭᠤᠯᠤᠯᠲᠠ ᠢᠢᠨ ᠲᠣᠭᠣᠷᠢᠨ ᠳᠤ ᠬᠡᠷᠡᠭ᠍ᠵᠢᠭᠦᠯᠬᠦ ᠴᠢᠨᠠᠷ ᠢᠶᠠᠷ ᠴᠢᠩᠭ᠎ᠠ ᠰᠡᠳᠭᠢᠮᠵᠢ ᠠᠷᠭ᠎ᠠ ᠬᠡᠮᠵᠢᠶ᠎ᠠ ᠢᠢ ᠰᠤᠳᠤᠯᠤᠨ ᠳᠤᠷᠠᠳᠴᠤ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠢᠢ ᠳᠠᠪᠠᠵᠤ᠂ ᠠᠵᠢᠯ ᠶᠠᠪᠤᠳᠠᠯ ᠢ ᠰᠦᠪᠡᠭ᠍ᠴᠢᠯᠡᠨ ᠠᠵᠢᠯ ᠶᠠᠪᠤᠳᠠᠯ ᠬᠢᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭ᠍ᠲᠡᠢ᠃ ᠠᠷᠢᠭᠤᠨ ᠴᠢᠬᠡᠴᠢ ᠪᠠᠶᠢᠵᠤ᠂ ᠠᠷᠠᠳᠴᠢᠯᠠᠯ ᠲᠥᠪᠯᠡᠷᠡᠯ ᠦᠨ ᠶᠣᠰᠣ ᠢᠢ ᠤᠬᠠᠮᠰᠠᠷ ᠡᠴᠡ ᠪᠠᠨ ᠂ ᠤᠬᠠᠮᠰᠠᠷ ᠡᠴᠡ ᠪᠠᠨ ᠲᠦᠷᠢᠮ ᠲᠣᠭᠲᠠᠭᠠᠯ ᠶᠣᠰᠣᠭᠠᠷ ᠠᠵᠢᠯ ᠶᠠᠪᠤᠳᠠᠯ ᠭᠦᠢᠴᠡᠳᠭᠡᠵᠤ᠂ ᠡᠯ᠎ᠡ ᠵᠦᠢᠯ ᠦᠨ ᠲᠥᠪ ᠪᠤᠰᠤ ᠰᠤᠷᠲᠠᠯ ᠪᠠ ᠢᠯᠵᠢᠷᠠᠮᠠᠯ ᠦᠵᠡᠭ᠍ᠳᠡᠯ ᠲᠡᠶ ᠡᠷᠡᠰ ᠲᠡᠮᠡᠴᠡᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠢᠢ ᠰᠠᠬᠢᠬᠤ ᠲᠠᠯ᠎ᠠ ᠪᠠᠷ ᠴᠢᠩᠭ᠎ᠠ ᠱᠠᠭᠠᠷᠳᠠᠬᠤ ᠬᠡᠷᠡᠭ᠍ᠲᠡᠢ ᠭᠡᠵᠤ ᠵᠢᠭᠠᠵᠤ ᠭᠠᠷᠭᠠᠪᠠ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ ᠦᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠢᠢᠨ ᠵᠣᠷᠢᠭ ᠰᠠᠨᠠᠭ᠎ᠠ ᠢᠢ ᠭᠦᠨᠵᠡᠭᠡᠢ ᠰᠤᠷᠤᠯᠴᠠᠨ ᠂ ᠲᠥᠪ ᠦᠨ ᠬᠥᠳᠡᠭᠡ ᠲᠣᠰᠬᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠢᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂《ᠮᠠᠯ ᠠᠵᠤ ᠠᠬᠤᠢ ᠲᠠᠷᠢᠶᠠᠯᠠᠩ ᠮᠠᠯᠵᠢᠬᠤ  ᠣᠷᠣᠨ ᠮᠠᠯᠴᠢᠨ ᠲᠠᠷᠢᠶᠠᠴᠢᠨ》 ᠤ ᠠᠵᠢᠯ ᠳᠠᠬᠢ ᠨᠠᠮ ᠤᠨ ᠪᠦᠬᠦ ᠲᠠᠯ᠎ᠠ ᠢᠢᠨ ᠤᠳᠤᠷᠢᠳᠤᠯᠭ᠎ᠠ ᠢᠢ ᠪᠠᠷᠢᠮᠲᠠᠯᠠᠨ ᠴᠢᠩᠭᠠᠳᠬᠠᠵᠤ᠂ ᠬᠥᠳᠡᠭᠡ ᠲᠣᠰᠬᠣᠨ ᠢ ᠪᠦᠬᠦ ᠲᠠᠯ᠎ᠠ ᠪᠠᠷ ᠬᠥᠭ᠍ᠵᠢᠭᠦᠯᠦᠨ ᠮᠠᠨᠳᠤᠭᠤᠯᠬᠤ ᠢᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ ᠤ ᠣᠳᠣᠬᠢᠴᠢᠯᠠᠯᠲᠠ ᠢᠢ ᠠᠬᠢᠭᠤᠯᠬᠤ ᠳᠤ ᠯᠠᠪᠳᠠᠭᠤᠨ ᠪᠠᠲᠤᠲᠠᠢ ᠠᠯᠬᠤᠮ ᠢ ᠠᠯᠬᠤᠬᠤ ᠬᠡᠷᠡᠭ᠍ᠲᠡᠢ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭ᠍ᠳᠡᠬᠦᠨ ᠦ ᠦᠢᠯᠡᠳᠪᠦᠷᠢᠯᠡᠯ ᠦᠨ ᠰᠠᠭᠤᠷᠢᠨ  ᠪᠥᠲᠥᠭᠡᠨ ᠪᠠᠶᠢᠭᠤᠯᠤᠯᠲᠠ ᠢᠢ ᠪᠥᠬᠥ ᠬᠦᠴᠦᠨ ᠢᠶᠡᠷ ᠢᠶᠡᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂《ᠮᠠᠯ ᠤᠨ ᠡᠭᠦᠯᠳᠡᠷ ᠪᠠ ᠲᠠᠷᠢᠶᠠᠨ ᠦᠷ᠎ᠠ》 ᠵᠢᠨ ᠢᠨᠵᠧᠨᠧᠷᠢᠩ ᠢ ᠲᠦᠷᠭᠡᠳᠭᠡᠨ ᠬᠡᠷᠡᠭ᠍ᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭ᠍ᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠪᠠ ᠲᠥᠷᠥᠯ ᠲᠡᠮᠳᠡᠭ ᠦᠨ ᠪᠥᠲᠥᠭᠡᠨ ᠪᠠᠶᠢᠭᠤᠯᠤᠯᠲᠠ ᠢᠢᠨ ᠨᠠᠩ ᠶᠡᠬᠡ ᠦᠷ᠎ᠡ ᠪᠦᠲᠦᠮᠵᠢ ᠤᠯᠬᠤ ᠢᠢ ᠠᠬᠢᠭᠤᠯᠬᠤ ᠬᠡᠷᠡᠭ᠍ᠲᠡᠶ᠃ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠂ ᠬᠡᠪᠴᠢᠶᠡᠵᠢᠯ ᠦᠨ ᠴᠢᠨᠠᠷᠲᠠᠢ ᠪᠡᠷ ᠳᠠᠬᠢᠨ ᠶᠠᠳᠠᠭᠤᠷᠠᠬᠤ ᠦᠭᠡᠢ ᠪᠠ ᠶᠠᠳᠠᠭᠤᠷᠠᠬᠤ ᠦᠭᠡᠢ ᠪᠠᠶᠢᠬᠤ ᠬᠣᠷᠢᠭ᠎ᠠ ᠱᠤᠭᠤᠮ ᠢ ᠪᠠᠲᠤ ᠰᠠᠬᠢᠬᠤ ᠬᠡᠷᠡᠭ᠍ᠲᠡᠢ᠃ ᠠᠷᠭ᠎ᠠ ᠪᠦᠬᠦᠨ ᠢ ᠰᠦᠪᠡᠭ᠍ᠴᠢᠯᠡᠨ ᠮᠠᠯᠴᠢᠨ ᠲᠠᠷᠢᠶᠠᠴᠢᠳ ᠤᠨ ᠣᠷᠣᠯᠭ᠎ᠠ ᠢᠢ ᠳᠡᠭᠡᠭ᠍ᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠠᠯᠴᠢᠨ ᠲᠠᠷᠢᠶᠠᠴᠢᠳ ᠤᠨ ᠣᠷᠣᠯᠭ᠎ᠠ ᠢᠢ ᠨᠡᠮᠡᠭ᠍ᠳᠡᠭᠦᠯᠬᠦ ᠲᠥᠯᠥᠪᠯᠡᠭᠡ ᠢᠢ ᠲᠣᠭᠲᠠᠭᠠᠨ ᠬᠡᠷᠡᠭ᠍ᠵᠢᠭᠦᠯᠵᠦ᠂ ᠬᠦᠳᠡᠯᠮᠦᠷᠢᠯᠡᠬᠦ ᠪᠠᠷ ᠲᠡᠳᠬᠦᠮᠵᠢ ᠢᠢ ᠣᠷᠣᠯᠠᠭᠤᠯᠬᠤ ᠢᠢ ᠶᠡᠬᠡ ᠪᠠᠷ ᠬᠡᠷᠡᠭ᠍ᠵᠢᠭᠦᠯᠵᠦ᠂ ᠬᠤᠰᠢᠭᠤ ᠰᠢᠶᠠᠨ ᠤ ᠠᠷᠠᠳ ᠢ ᠪᠠᠶᠠᠵᠢᠭᠤᠯᠬᠤ ᠠᠵᠤ ᠦᠢᠯᠡᠰ ᠪᠠ ᠭᠠᠴᠡᠭ᠎ᠠ ᠲᠣᠰᠬᠣᠨ ᠤ ᠬᠠᠮᠲᠤ ᠢᠢᠨ ᠠᠵᠤ ᠠᠬᠤᠶ ᠢᠢ ᠦᠷᠭᠦᠯᠵᠢᠯᠡᠨ ᠪᠤᠵᠠᠭᠠᠶᠢᠷᠠᠭᠤᠯᠬᠤ ᠬᠡᠷᠡᠭ᠍ᠲᠡᠶ᠃《ᠮᠢᠩᠭ᠎ᠠ ᠲᠦᠮᠡ ᠢᠢᠨ ᠢᠨᠵᠧᠨᠧᠷᠢᠩ》 ᠤᠨ ᠲᠤᠷᠰᠢᠯᠭ᠎ᠠ ᠢᠢ ᠰᠤᠷᠤᠯᠴᠠᠨ ᠬᠡᠷᠡᠭ᠍ᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠢᠯᠡᠰ ᠪᠤᠰᠬᠠᠬᠤ ᠳᠤ ᠲᠣᠬᠢᠷᠠᠮᠵᠢᠲᠠᠶ ᠪᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠣᠨ ᠤ ᠪᠥᠲᠥᠭᠡᠨ ᠪᠠᠶᠢᠭᠤᠯᠤᠯᠲᠠ ᠢᠢ ᠯᠠᠪᠳᠠᠭᠤᠨ ᠪᠠᠲᠤᠲᠠᠶ ᠠᠬᠢᠭᠤᠯᠵᠤ᠂  ᠲᠥᠬᠥᠭᠡᠷᠦᠮᠵᠢ ᠪᠠ ᠣᠯᠠᠨ ᠨᠡᠶᠢᠲᠡ ᠢᠢᠨ ᠦᠢᠯᠡᠴᠢᠯᠡᠭᠡᠨ ᠦ ᠳᠤᠲᠠᠭᠤᠳᠠᠯ ᠢ ᠨᠥᠬᠥᠪᠥᠷᠢᠯᠡᠵᠦ᠂ ᠬᠠᠭᠤᠴᠢᠨ ᠪᠤᠯᠬᠢ ᠵᠠᠩ ᠳᠠᠳᠬᠠᠯ ᠢ ᠥᠭᠡᠷᠡᠴᠢᠯᠡᠬᠦ ᠢᠢ ᠶᠡᠬᠡ ᠪᠡᠷ ᠠᠬᠢᠭᠤᠯᠬᠤ ᠬᠡᠷᠡᠭ᠍ᠲᠡᠶ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠢᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠣᠶᠠᠳᠤᠭᠠᠷ ᠡᠭᠡᠯᠵᠢ ᠢᠢᠨ ᠭᠠᠵᠠᠷ ᠰᠢᠷᠣᠶ ᠢᠢ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠢᠢᠨ ᠴᠡᠭ  ᠤᠨ ᠠᠵᠢᠯ ᠢ ᠰᠠᠶᠢᠲᠤᠷ ᠠᠳᠬᠤᠬᠤ ᠬᠡᠷᠡᠭ᠍ᠲᠡᠶ ᠭᠡᠵᠤ ᠴᠢᠬᠤᠯᠠᠴᠢᠯᠠᠪᠠ᠃

ᠬᠤᠷᠠᠯ ᠡᠴᠡ ᠶᠡᠷᠦᠩᠬᠡᠢ ᠱᠦᠵᠢ ᠰᠢ ᠵᠢᠨ ᠫᠢᠩ ᠦᠨ 2026 ᠣᠨ ᠤ ᠰᠢᠨ᠎ᠡ ᠵᠢᠯ ᠦᠨ ᠪᠠᠶᠠᠷ ᠤᠨ ᠦᠭᠡ ᠢᠢ ᠤᠯᠠᠮᠵᠢᠯᠠᠨ ᠰᠤᠷᠤᠯᠴᠠᠵᠦ᠂ ᠶᠡᠷᠦᠩᠬᠡᠢ ᠱᠦᠵᠢ ᠰᠢ ᠵᠢᠨ ᠫᠢᠩ ᠦᠨ ᠬᠦᠰᠡᠯ ᠨᠠᠶᠢᠳᠠᠯᠭ᠎ᠠ ᠢᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠥᠭ᠍ᠵᠢᠯᠲᠡ ᠢᠢᠨ ᠢᠲᠡᠭᠡᠯ ᠵᠣᠷᠢᠭ ᠢᠶᠠᠨ ᠨᠡᠮᠡᠭ᠍ᠳᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠡᠨ ᠴᠢᠩᠭᠠᠳᠬᠠᠵᠤ᠂ ᠥᠪᠥᠷ ᠮᠣᠩᠭᠣᠯ ᠤᠨ ᠶᠠᠪᠤᠳᠠᠯ ᠢ ᠨᠡᠩ ᠰᠠᠶᠢᠲᠤᠷ ᠬᠢᠬᠦ ᠪᠡᠷ ᠴᠢᠷᠮᠠᠶᠢᠬᠤ ᠬᠡᠷᠡᠭ᠍ᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠶᠡᠷᠦᠩᠬᠡᠶ ᠱᠦᠵᠢ ᠰᠢ ᠵᠢᠨ ᠫᠢᠩ ᠦᠨ ᠪᠥᠬᠥ ᠤᠯᠤᠰ ᠤᠨ ᠤᠯᠤᠰ ᠲᠥᠷᠥ ᠢᠢᠨ ᠵᠥᠪᠯᠡᠯᠭᠡᠨ ᠦ ᠰᠢᠨ᠎ᠡ ᠵᠢᠯ ᠦᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠢᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠤᠯᠤᠰ ᠲᠥᠷᠥ ᠢᠢᠨ ᠵᠥᠪᠯᠡᠯᠭᠡᠨ ᠦ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ 《1571》ᠠᠵᠢᠯ ᠤᠨ ᠪᠠᠶᠢᠷᠢᠯᠠᠭᠤᠯᠤᠯᠲᠠ ᠯᠤᠭ᠎ᠠ ᠨᠢᠭᠲᠠ ᠤᠶᠠᠯᠳᠤᠭᠤᠯᠤᠨ᠂ ᠤᠯᠤᠰ ᠲᠥᠷᠥ ᠢᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠢᠢᠨ ᠶᠠᠪᠤᠳᠠᠯ ᠳᠤ ᠣᠷᠣᠯᠴᠠᠨ ᠲᠥᠷᠥ ᠢᠢᠨ ᠶᠠᠪᠤᠳᠠᠯ ᠢ ᠵᠥᠪᠯᠡᠬᠦ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠥᠪᠥᠷ ᠮᠣᠩᠭᠣᠯ ᠤᠨ ᠴᠢᠨᠠᠷ ᠰᠠᠶᠢᠲᠠᠶ ᠬᠥᠭ᠍ᠵᠢᠯᠲᠡ ᠶ᠋ᠢᠨ ᠲᠦᠯᠦᠬᠡ ᠨᠠᠩ ᠪᠦᠲᠦᠮᠵᠢᠲᠡᠶ ᠰᠡᠳᠭᠢᠯ ᠢ ᠨᠢᠬᠳᠠᠷᠠᠭᠤᠯᠤᠨ ᠬᠦᠴᠦᠨ ᠴᠢᠳᠠᠯ ᠢ ᠲᠦᠪᠯᠡᠷᠡᠬᠦᠯᠬᠦ ᠬᠡᠷᠡᠭ᠍ᠲᠡᠶ ᠭᠡᠵᠦ ᠴᠢᠬᠤᠯᠠᠴᠢᠯᠠᠪᠠ᠃

ᠬᠤᠷᠠᠯ ᠡᠴᠡ ᠶᠡᠷᠦᠩᠬᠡᠶ ᠱᠦᠵᠢ ᠰᠢ ᠵᠢᠨ ᠫᠢᠩ ᠦᠨ ᠰᠢᠨᠵᠢᠯᠡᠬᠦ ᠤᠬᠠᠭᠠᠨ ᠮᠡᠷᠭᠡᠵᠢᠯ ᠦᠨ ᠡᠳᠦᠷ ᠦᠨ ᠰᠣᠨᠢᠨ ᠤ ᠬᠡᠪᠯᠡᠯ ᠡᠬᠢᠯᠡᠭ᠍ᠰᠡᠨ 40 ᠵᠢᠯ ᠦᠨ ᠣᠶ ᠳᠤ ᠢᠯᠡᠭᠡᠭ᠍ᠰᠡᠨ ᠪᠠᠶᠠᠷ ᠤᠨ ᠵᠠᠬᠢᠳᠠᠯ ᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠨᠳᠤᠤᠰᠢᠭᠤᠯᠬᠤ᠂ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠮᠡᠳᠡᠯᠭᠡ ᠢᠢ ᠲᠦᠭᠡᠮᠡᠯᠵᠢᠭᠦᠯᠬᠦ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠥᠪᠥᠷ ᠮᠣᠩᠭᠣᠯ ᠤᠨ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠢᠢ ᠡᠭᠦᠳᠬᠦ ᠲᠦᠪᠰᠢᠨ ᠢ ᠲᠦᠷᠭᠡᠳᠭᠡᠨ ᠳᠡᠭᠡᠭ᠍ᠰᠢᠯᠡᠭᠦᠯᠬᠦ ᠬᠡᠷᠡᠭ᠍ᠲᠡᠶ ᠭᠡᠵᠦ ᠴᠢᠬᠤᠯᠠᠴᠢᠯᠠᠪᠠ᠃

ᠬᠤᠷᠠᠯ ᠡᠴᠡ 《ᠳᠤᠮᠳᠠᠳᠤ ᠤᠯᠤᠰ ᠤᠨ ᠡᠪ ᠬᠠᠮᠲᠤ ᠨᠠᠮ ᠤᠨ ᠪᠥᠬᠥ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶ᠋ᠢ ᠤᠳᠤᠷᠢᠳᠬᠤ ᠠᠵᠢᠯ ᠤᠨ ᠲᠦᠷᠢᠮ》 ᠤᠨ ᠵᠣᠷᠢᠭ ᠰᠠᠨᠠᠭ᠎ᠠ ᠢᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ ᠦᠨ ᠬᠠᠤᠯᠢ ᠪᠡᠷ ᠵᠠᠰᠠᠬᠤ ᠦᠵᠡᠯ ᠰᠠᠨᠠᠭ᠎ᠠ ᠢᠢ ᠭᠦᠨᠵᠡᠭᠡᠶ ᠰᠤᠷᠤᠯᠴᠠᠨ ᠦᠢᠯᠡᠳᠦᠯᠭᠡᠵᠢᠭᠦᠯᠵᠦ᠂   《ᠲᠦᠷᠢᠮ》 ᠢ ᠨᠠᠷᠢᠨ ᠬᠢᠨᠠᠮᠠᠭᠠᠶ ᠰᠤᠷᠤᠯᠴᠠᠨ ᠂ ᠬᠠᠤᠯᠢ ᠪᠠᠷ ᠵᠠᠰᠬᠠᠤ ᠪᠠᠶᠢᠭᠤᠯᠤᠯᠲᠠ ᠳᠠᠬᠢ ᠨᠠᠮ ᠤᠨ ᠪᠥᠬᠥ ᠲᠠᠯ᠎ᠠ ᠢᠢᠨ ᠤᠳᠤᠷᠢᠳᠤᠯᠭ᠎ᠠ ᠢᠢ ᠪᠠᠷᠢᠮᠲᠠᠯᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠢᠢ ᠴᠢᠩᠭ᠎ᠠ ᠬᠡᠷᠡᠭ᠍ᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ ᠪᠥᠬᠥ ᠠᠷᠠᠳ ᠢᠶᠠᠷ ᠢᠶᠠᠨ ᠬᠠᠤᠯᠢ ᠢᠢ ᠰᠠᠬᠢᠬᠤ ᠢᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠩ ᠥᠨᠳᠥᠷ ᠲᠦᠪᠰᠢᠨ ᠪᠥᠬᠥᠶ ᠬᠠᠤᠯᠢ ᠪᠠᠷ ᠵᠠᠰᠠᠬᠤ ᠥᠪᠥᠷ ᠮᠣᠩᠭᠣᠯ ᠢ ᠲᠦᠷᠭᠡᠳᠭᠡᠨ ᠪᠠᠶᠢᠭᠤᠯᠬᠤ ᠬᠡᠷᠡᠭ᠍ᠲᠡᠶ ᠭᠡᠵᠦ ᠴᠢᠬᠤᠯᠠᠴᠢᠯᠠᠪᠠ᠃

ᠬᠤᠷᠠᠯ ᠡᠴᠡ ᠪᠥᠬᠥ ᠤᠯᠤᠰ ᠤᠨ ᠣᠷᠣᠨ ᠨᠤᠲᠤᠭ ᠤᠨ ᠭᠠᠳᠠᠭᠠᠳᠤ ᠶᠠᠪᠤᠳᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠢᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠶ᠋ᠢᠨ 2025 ᠣᠨ ᠤ ᠠᠵᠢᠯ ᠤᠨ ᠪᠠᠶᠢᠳᠠᠯ ᠪᠣᠯᠤᠨ 2026 ᠣᠨ ᠤ ᠠᠵᠢᠯ ᠤᠨ ᠲᠣᠬᠢᠷᠠᠭᠤᠯᠤᠯᠲᠠ ᠢᠢᠨ ᠬᠠᠷᠢᠭᠤ ᠮᠡᠳᠡᠭᠦᠯᠦᠯᠲᠡ ᠢᠢ ᠰᠣᠨᠣᠰᠴᠤ᠂《2026 ᠣᠨ ᠤ ᠪᠥᠬᠥ ᠣᠷᠣᠨ ᠤ ᠠᠯᠪᠠᠨ ᠶᠠᠪᠤᠳᠠᠯ ᠢᠶᠠᠷ ᠲᠦᠷ ᠴᠠᠭ ᠤᠯᠤᠰ︵ᠬᠢᠯᠢ︶ᠡᠴᠡ ᠭᠠᠷᠬᠤ ᠲᠥᠯᠥᠪᠯᠡᠭᠡ》ᠬᠢᠨᠠᠨ ᠵᠥᠪᠯᠡᠵᠦ᠂ ᠰᠢ ᠵᠢᠨ ᠫᠢᠩ ᠦᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠢᠢ ᠭᠦᠨᠵᠡᠭᠡᠶ ᠰᠤᠷᠤᠯᠴᠠᠨ ᠂ ᠲᠥᠪ ᠦᠨ ᠬᠦᠷᠰᠢ ᠵᠡᠷᠭᠡᠯᠡᠳᠡᠭᠡ ᠶ᠋ᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠢᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠦᠨ ᠭᠠᠳᠠᠭᠠᠳᠤ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠳᠠᠭᠠᠳᠤ ᠯᠤᠭ᠎ᠠ ᠢᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠭᠡᠵᠦ᠂ ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠪᠣᠯᠤᠨ ᠪᠥᠬᠥ ᠣᠷᠣᠨ ᠤ ᠴᠢᠨᠠᠷ ᠰᠠᠶᠢᠲᠠᠶ ᠬᠥᠭ᠍ᠵᠢᠯᠲᠡ ᠳᠦ ᠨᠠᠩ ᠰᠠᠶᠢᠲᠤᠷ ᠦᠢᠯᠡᠴᠢᠯᠡᠬᠦ ᠬᠡᠷᠡᠭ᠍ᠲᠡᠶ ᠭᠡᠵᠦ ᠴᠢᠬᠤᠯᠠᠴᠢᠯᠠᠪᠠ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠲᠠᠪᠤᠳᠤᠭᠠᠷ ᠬᠤᠷᠠᠯ ᠪᠣᠯᠤᠨ ᠤᠯᠤᠰ ᠲᠥᠷᠥ ᠢᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ ᠤ ᠬᠣᠷᠢᠶ᠎ᠠ ᠶ᠋ᠢᠨ ᠳᠥᠷᠪᠡᠳᠦᠭᠡᠷ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠢᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠬᠣᠶᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠡᠷ ᠪᠠᠶᠢᠭ᠎ᠠ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ᠬᠣᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠶ ᠱᠠᠭᠠᠷᠳᠠᠯᠭ᠎ᠠ ᠳᠤᠷᠠᠳᠴᠠᠶ᠃

ᠬᠤᠷᠠᠯ ᠡᠴᠡ ᠪᠠᠰᠠ ᠪᠤᠰᠤᠳ ᠵᠦᠢᠯ ᠢ ᠰᠤᠳᠤᠯᠵᠠᠢ᠃

 

 


   :                    
   :           
备案序号:蒙ICP备05003250号 公安备案15010502000173